ᠳᠡᠯᠡᠬᠡᠢ ᠶᠢᠨ ᠡᠬᠡ ᠬᠡᠯᠡᠨ ᠤ ᠡᠳᠦᠷ

    ᠵᠢᠯ ᠪᠦᠷᠢ ᠶᠢᠨ 2 ᠰᠠᠷᠠᠢᠢᠨ 21 ᠤ᠋ ᠡᠳᠦᠷ ᠪᠣᠯ ᠣᠯᠠᠨ ᠤᠯᠤᠰ ᠤᠨ ᠡᠬᠡ ᠬᠡᠯᠡᠨ ᠤ ᠡᠳᠦᠷ ᠪᠣᠯᠤᠨ᠎ᠠ᠃ ᠬᠡᠯᠡ ᠰᠣᠶᠤᠯ ᠤᠨ ᠥᠪᠡᠷᠮᠢᠴᠡ ᠰᠢᠨᠵᠢ᠂ ᠣᠯᠠᠨ ᠬᠡᠯᠡᠨ ᠤ ᠬᠡᠷᠡᠭᠯᠡᠭᠡ ᠪᠠ ᠡᠬᠡ ᠬᠡᠯᠡ ᠶᠢ ᠬᠦᠨᠳᠦᠳᠬᠡᠨ ᠬᠠᠮᠠᠭᠠᠯᠠᠬᠤ ᠶᠢ ᠳᠡᠯᠡᠬᠡᠢ ᠳ᠋ᠡᠬᠢᠨ ᠳᠤ ᠰᠤᠷᠲᠠᠯᠴᠢᠯᠠᠬᠤ ᠵᠣᠷᠢᠯᠭ᠎ᠠ ᠡᠴᠡ 1999 ᠣᠨ ᠤ 11 ᠰᠠᠷᠠᠢᠢᠨ 17 ᠤ᠋ ᠡᠳᠦᠷ᠂ ᠶᠤᠨᠧᠰᠺᠣ ( ᠣᠯᠠᠨ ᠤᠯᠤᠰ ᠤᠨ ᠬᠣᠯᠪᠤᠭᠠᠲᠤ ᠪᠠᠢᠢᠭᠤᠯᠭ᠎ᠠ ᠶᠢᠨ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ᠂ ᠰᠣᠶᠤᠯ ᠤᠨ ᠪᠠᠢᠢᠭᠤᠯᠭ᠎ᠠ ) ᠡᠴᠡ ᠲᠤᠭᠲᠠᠭᠠᠭᠰᠠᠨ ᠶᠤᠮ᠃
    ᠲᠤᠰ ᠡᠳᠦᠷ ᠪᠣᠯ᠂ 1952 ᠣᠨ ᠤ 2 ᠰᠠᠷᠠᠢᠢᠨ 21 ᠤ᠋ ᠡᠳᠦᠷ᠂ ᠲᠤᠬᠠᠢ ᠶᠢᠨ ᠦᠶ᠎ᠡ ᠳᠤ ᠫᠠᠺᠢᠰᠲ᠋ᠠᠨ ᠤ ᠨᠢᠭᠡ ᠬᠡᠰᠡᠭ ᠪᠠᠢᠢᠭᠰᠠᠨ᠂ ᠣᠳᠣ ᠶᠢᠨ ᠪᠠᠩᠯᠠᠳᠧᠱ᠋ᠢ ᠶᠢᠨ ᠨᠠᠢᠢᠰᠯᠠᠯ ᠪᠣᠯᠬᠤ ᠳ᠋ᠠᠺᠠ ᠬᠣᠲᠠᠨ ᠳᠤ᠂ ᠪᠧᠩᠭᠠᠯ ᠬᠡᠯᠡ ᠶᠢ ᠲᠤᠬᠠᠢ ᠶᠢᠨ ᠠᠯᠪᠠᠨ ᠶᠣᠰᠤᠨ ᠤ ᠬᠡᠯᠡ ᠪᠡᠷ ᠵᠥᠪᠰᠢᠶᠡᠷᠡᠭᠦᠯᠬᠦ ᠶᠢ ᠵᠣᠷᠢᠭᠰᠠᠨ ᠬᠥᠳᠡᠯᠭᠡᠭᠡᠨ ᠦᠷᠨᠢᠭ᠍ᠳᠡᠨ᠂ ᠬᠥᠳᠡᠯᠭᠡᠭᠡᠨ ᠤ ᠳᠤᠮᠳᠠ ᠬᠡᠰᠡᠭ ᠬᠦᠮᠦᠰ ᠠᠮᠢ ᠦᠷᠡᠭᠳᠡᠭᠰᠡᠨ ᠶᠠᠪᠤᠳᠠᠯ ᠡᠴᠡ ᠢᠷᠡᠯᠲᠡ ᠲᠠᠢ ᠭᠡᠨ᠎ᠡ᠃
    -------------- ᠨᠢᠭᠤᠷ ᠬᠠᠭᠤᠳᠠᠰᠤ --------------